ᠠᠮᠧᠷᠢᠺᠠ ᠨᠢᠭᠡᠳᠦᠭᠰᠡᠨ ᠤᠯᠤᠰ ᠦᠨᠳᠦᠰᠦᠨ ᠪᠠᠲᠤᠯᠠᠨ ᠬᠠᠮᠠᠭᠠᠯᠠᠬᠤ ᠡᠷᠬᠡ ᠣᠯᠭᠣᠬᠤ ᠲᠤᠬᠠᠢ ᠬᠠᠤᠯᠢ ᠥᠪᠥᠷ ᠮᠣᠩᠭᠣᠯ ᠲᠠᠯ᠎ᠠ ᠲᠡᠦᠬᠡᠨ ᠠᠴᠢ ᠬᠣᠯᠪᠣᠭᠳᠠᠯ ᠪᠦᠬᠦᠢ ᠵᠢᠭᠠᠯᠲᠠ ᠪᠠᠲᠤᠯᠠᠪᠠ
2025-12-17
ᠣᠩᠱᠢᠭ᠍ᠰᠠᠨ ᠣᠳᠠᠭ᠎ᠠ᠄

   ᠠᠮᠧᠷᠢᠺᠠᠶᠢᠨ ᠨᠢᠭᠡᠳᠦᠭᠰᠡᠨ ᠤᠯᠤᠰ ᠤᠨ ᠦᠨᠳᠦᠰᠦᠨ ᠤ ᠪᠠᠲᠤᠯᠠᠨ ᠬᠠᠮᠠᠭᠠᠯᠠᠬᠤ ᠡᠷᠬᠡ                       ᠣᠯᠭᠣᠬᠤ ᠲᠤᠬᠠᠢ ᠬᠠᠤᠯᠢ ᠳᠤ ᠥᠪᠥᠷ ᠮᠣᠩᠭᠣᠯ ᠤᠨ ᠲᠠᠯ᠎ᠠᠪᠠᠷ ᠲᠡᠦᠬᠡᠨ ᠠᠴᠢ ᠬᠣᠯᠪᠣᠭᠳᠠᠯ                   ᠪᠦᠬᠦᠢ ᠵᠢᠭᠠᠯᠲᠠ ᠶᠢ ᠪᠠᠲᠤᠯᠠᠪᠠ

                  ᠥᠪᠥᠷ ᠮᠣᠩᠭᠣᠯ ᠤᠨ ᠬᠦᠮᠦᠨ ᠤ ᠡᠷᠬᠡ ᠶᠢᠨ ᠮᠡᠳᠡᠭᠡᠯᠡᠯ ᠦᠨ ᠥᠷᠲᠡᠭᠡ

                    2025 ᠣᠨ ᠦ 12 ᠳ᠋ᠤᠭᠠᠷ ᠰᠠᠷ᠎ᠠ ᠶᠢᠨ 12 ᠲᠤ

                  ᠨᠶᠦ᠋ᠶᠣᠷᠺ ᠬᠣᠲᠠᠨ᠎ᠠ ᠮᠡᠳᠡᠭᠡᠯᠡᠪᠡ

 

ᠥᠪᠥᠷ ᠮᠣᠩᠭᠣᠯ ᠤᠨ ᠬᠦᠮᠦᠨ ᠤ ᠡᠷᠬᠡ ᠶᠢᠨ ᠮᠡᠳᠡᠭᠡᠯᠡᠯ ᠦᠨ ᠥᠷᠲᠡᠭᠡ ᠨᠢ ᠥᠪᠥᠷ ᠮᠣᠩᠭᠣᠯ ᠤᠨ ᠲᠠᠯ᠎ᠠᠪᠠᠷ ᠬᠢ ᠲᠡᠦᠬᠡᠨ ᠠᠴᠢ ᠬᠣᠯᠪᠣᠭᠳᠠᠯ ᠪᠦᠬᠦᠢ ᠵᠢᠭᠠᠯᠲᠠ ᠶᠢ ᠠᠮᠧᠷᠢᠺᠠᠶᠢᠨ ᠨᠢᠭᠡᠳᠦᠭᠰᠡᠨ ᠤᠯᠤᠰ ᠤᠨ 2026  ᠣᠨ  ᠤ ᠰᠠᠩᠬᠦᠦ ᠶᠢᠨ ᠵᠢᠯ ᠦᠨ ᠦᠨᠳᠦᠰᠦᠨ ᠦ ᠪᠠᠲᠤᠯᠠᠨ ᠬᠠᠮᠠᠭᠠᠯᠠᠬᠤ ᠡᠷᠬᠡ ᠣᠯᠭᠣᠬᠤ ᠲᠤᠬᠠᠢ ᠬᠠᠤᠯᠢ (NDAA)ᠳᠦ ᠪᠠᠭᠲᠠᠭᠰᠠᠨ ᠢ ᠪᠠᠶᠠᠷ ᠲᠠᠢᠪᠠᠷ ᠬᠦᠯᠢᠶᠡᠨ ᠠᠪᠴᠤ ᠪᠠᠢᠨ᠎ᠠ᠃ ᠡᠨᠡ ᠵᠢᠯ ᠤᠨ ᠲᠥᠰᠥᠯ ᠨᠢ 2025 ᠣᠨ ᠤ 12 ᠳ᠋ᠤᠭᠠᠷ ᠰᠠᠷ᠎ᠠ ᠶᠢᠨ 10 ᠦ ᠡᠳᠦᠷ ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠯᠥᠭᠡᠯᠡᠭᠴᠢᠳ ᠤᠨ ᠲᠠᠩᠬᠢᠮ ᠢᠶᠠᠷ ᠪᠠᠲᠤᠯᠠᠭᠳᠠᠭᠰᠠᠨ ᠪᠥᠭᠡᠳ ᠡᠨᠡ ᠵᠢᠭᠠᠯᠲᠠ ᠨᠢ ᠬᠢᠲᠠᠳ ᠤᠨ ᠳᠢᠭᠯᠢᠮ  ᠦᠨ ᠳᠣᠣᠷ᠎ᠠ ᠠᠮᠢᠳᠤᠷᠠᠵᠤ ᠪᠠᠢᠭ᠎ᠠ ᠵᠢᠷᠭᠤᠭᠠᠨ ᠰᠠᠶ᠎ᠠ ᠥᠪᠥᠷ ᠮᠣᠩᠭᠣᠯᠴᠤᠳ ᠤᠨ ᠬᠦᠮᠦᠨ ᠤ ᠡᠷᠬᠡ᠂ ᠪᠠᠢᠭᠠᠯᠢ ᠣᠷᠴᠢᠨ᠂ ᠬᠸᠣᠫᠣᠯᠢᠲ᠋ᠢᠺ ᠤᠨ ᠪᠠᠢᠳᠠᠯ ᠳᠤ ᠨᠥᠯᠥᠭᠡᠯᠡᠵᠦ ᠪᠤᠢ ᠨᠥᠬᠥᠴᠡᠯ ᠪᠠᠢᠳᠠᠯ ᠢ ᠣᠯᠠᠨ ᠤᠯᠤᠰ ᠤᠨ ᠲᠦᠪᠰᠢᠨ  ᠳᠤ ᠬᠢᠨᠠᠬᠤ᠂ ᠮᠡᠳᠡᠭᠡᠯᠡᠬᠦ᠂ ᠣᠢᠯᠠᠭᠠᠬᠤ ᠦᠢᠯᠡ ᠶᠠᠪᠤᠴᠠ ᠶᠢ ᠰᠠᠢᠵᠢᠷᠠᠭᠤᠯᠬᠤ ᠳᠦ ᠴᠢᠭᠯᠡᠭᠰᠡᠨ ᠤᠷᠢᠳᠤ ᠡᠮᠦᠨ᠎ᠡ ᠪᠠᠢᠭ᠎ᠠ ᠦᠭᠡᠢ ᠠᠯᠬᠤᠮ ᠶᠤᠮ᠃

ᠬᠠᠤᠯᠢ ᠶᠢᠨ ᠲᠥᠰᠥᠯ ᠦᠨ 5555 ᠳ᠋ᠤᠭᠠᠷ ᠵᠦᠢᠯ ᠳᠤ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠪᠡᠭᠡᠵᠢᠩ ᠦᠨ ᠡᠯᠴᠢᠨ ᠰᠠᠢᠳ ᠤᠨ ᠶᠠᠮᠤᠨ ᠳᠤ ︽ᠥᠪᠥᠷ ᠮᠣᠩᠭᠣᠯ ᠦᠨ ᠬᠡᠯᠲᠡᠰ︾ ᠢ ᠪᠠᠢᠭᠤᠯᠬᠤ ᠶᠢ ᠲᠤᠰᠬᠠᠭᠰᠠᠨ᠃ ᠡᠨᠡ ᠬᠦ ᠰᠢᠨ᠎ᠡ ᠬᠡᠯᠲᠡᠰ ᠨᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠢᠲᠠᠳ ᠤᠨ ᠵᠠᠬᠢᠷᠭᠠᠨ ᠳᠤ ᠪᠤᠢ ᠪᠤᠰᠤᠳ ᠮᠣᠩᠭᠣᠯ ᠦᠨᠳᠦᠰᠦᠲᠡᠨ ᠦ ᠥᠪᠡᠷᠲᠡᠭᠡᠨ ᠵᠠᠰᠠᠬᠤ ᠪᠦᠰᠡ ᠨᠤᠲᠤᠭᠲᠤ ᠬᠢ ᠤᠯᠤᠰ ᠲᠥᠷᠥ᠂ ᠡᠳ᠋ ᠦᠨ ᠵᠠᠰᠠᠭ᠂ ᠨᠡᠢᠭᠡᠮ ᠦᠨ ᠨᠥᠬᠥᠴᠡᠯ ᠪᠠᠢᠳᠠᠯ ᠢ ᠨᠢᠭᠲᠠ ᠠᠵᠢᠭᠯᠠᠬᠤ ᠡᠭᠦᠷᠭᠡ ᠲᠡᠢ᠃

ᠬᠠᠤᠯᠢ ᠶᠢᠨ ᠲᠥᠰᠥᠯ ᠳᠤ︽ ᠠᠮᠧᠷᠢᠺᠠ ᠶᠢᠨ ᠨᠢᠭᠡᠳᠦᠭᠰᠡᠨ ᠤᠯᠤᠰ ᠡᠴᠡ ᠪᠡᠭᠡᠵᠢᠩ ᠳᠤ ᠰᠠᠭᠤᠭ᠎ᠠ ᠡᠯᠴᠢᠨ ᠰᠠᠢᠳ ᠤᠨ  ᠶᠠᠮᠤᠨ ᠳᠤ ᠥᠪᠥᠷ ᠮᠣᠩᠭᠣᠯ ᠤᠨ ᠪᠠᠭ ᠪᠠᠢᠭᠤᠯᠬᠤ ᠠᠰᠠᠭᠤᠳᠠᠯ ᠢ ᠠᠪᠴᠤ ᠦᠵᠡᠬᠦ ᠪᠥᠭᠡᠳ ᠣᠷᠣᠨ ᠨᠤᠲᠤᠭ ᠤᠨ ᠠᠵᠢᠯᠲᠠᠨ ᠢᠶᠠᠷ ᠥᠪᠥᠷ ᠮᠣᠩᠭᠣᠯᠴᠤᠳ ᠢ ᠠᠵᠢᠯᠯᠠᠭᠤᠯᠬᠤ ᠶᠢ ᠬᠠᠷᠠᠭᠠᠯᠵᠠᠨ ᠦᠵᠡᠬᠦ︾ ᠲᠤᠬᠠᠢ ᠵᠢᠭᠠᠭᠰᠠᠨ ᠨᠢ ᠠᠮᠧᠷᠢᠺᠠ ᠶᠢᠨ ᠨᠢᠭᠡᠳᠦᠭᠰᠡᠨ ᠤᠯᠤᠰ ᠤᠨ ᠬᠠᠤᠯᠢ ᠲᠣᠭᠲᠠᠭᠠᠮᠵᠢ ᠥᠪᠥᠷ ᠮᠣᠩᠭᠣᠯᠴᠤᠳ ᠢ ᠳ᠋ᠢᠫᠯᠣᠮᠠᠲ ᠠᠵᠢᠭᠯᠠᠯᠲᠠ ᠳᠦ ᠰᠢᠭᠤᠳ ᠣᠷᠣᠯᠴᠠᠭᠤᠯᠬᠤ ᠶᠢᠨ ᠠᠴᠢ ᠬᠣᠯᠪᠣᠭᠳᠠᠯ ᠢ ᠠᠩᠬ᠎ᠠ ᠤᠳᠠᠭ᠎ᠠ ᠲᠣᠳᠣᠷᠬᠠᠢ ᠲᠡᠮᠳᠡᠭᠯᠡᠵᠦ ᠪᠤᠢ ᠬᠡᠷᠡᠭ ᠶᠤᠮ᠃

ᠬᠠᠤᠯᠢ ᠶᠢᠨ ᠲᠥᠰᠥᠯ ᠨᠢ ᠰᠢᠨ᠎ᠡᠪᠡᠷ ᠪᠠᠢᠭᠤᠯᠤᠭᠳᠠᠬᠤ ᠬᠡᠯᠲᠡᠰ ᠦᠨ ᠥᠷᠭᠡᠨ ᠬᠦᠷᠢᠶᠡᠨ ᠤ ᠡᠭᠦᠷᠭᠡ ᠬᠠᠷᠢᠭᠤᠴᠠᠯᠭ᠎ᠠ ᠶᠢ ᠳᠠᠷᠠᠭᠠᠬᠢ ᠪᠠᠢᠳᠠᠯ ᠢᠶᠠᠷ ᠲᠣᠳᠣᠷᠬᠠᠢᠯᠠᠵᠠᠢ᠄

* ᠬᠦᠮᠦᠨ ᠦ ᠡᠷᠬᠡ ᠶᠢᠨ ᠬᠢᠨᠠᠯᠲᠠ᠄ ᠥᠪᠥᠷ ᠮᠣᠩᠭᠣᠯᠴᠤᠳ ᠤᠨ ᠬᠦᠮᠦᠨ ᠦ ᠡᠷᠬᠡ ᠶᠢᠨ ᠨᠥᠬᠥᠴᠡᠯ ᠪᠠᠢᠳᠠᠯ ᠤᠨ ᠲᠠᠯ᠎ᠠᠪᠠᠷ ᠣᠯᠠᠨ ᠤᠯᠤᠰᠲᠤ ᠬᠦᠯᠢᠶᠡᠨ ᠵᠥᠪᠰᠢᠶᠡᠷᠡᠭᠳᠡᠭᠰᠡᠨ ᠠᠰᠠᠭᠤᠳᠠᠯ ᠤᠳ ᠢ ᠮᠡᠳᠡᠭᠡᠯᠡᠬᠦ᠃

* ᠪᠠᠢᠭᠠᠯᠢ ᠶᠢᠨ ᠪᠠᠶᠠᠯᠢᠭ ᠪᠠ ᠪᠠᠢᠭᠠᠯᠢ ᠣᠷᠴᠢᠨ ᠦ ᠬᠢᠨᠠᠯᠲᠠ᠄ ᠴᠢᠬᠤᠯᠠ ᠠᠰᠢᠭᠲᠤ ᠮᠠᠯᠲᠠᠮᠠᠯ ᠤᠨ ᠣᠯᠪᠤᠷᠢᠯᠠᠯᠲᠠ᠂ ᠪᠠᠢᠭᠠᠯᠢ ᠣᠷᠴᠢᠨ ᠤ ᠡᠪᠳᠡᠭᠳᠡᠯ᠂ ᠮᠥᠨ ᠬᠢᠲᠠᠳ ᠤᠨ ᠰᠠᠨᠰᠠᠷ ᠤᠨ ᠬᠦᠴᠦᠨ ᠴᠢᠳᠠᠯ ᠲᠠᠢ ᠬᠣᠯᠪᠣᠭ᠎ᠠ ᠲᠠᠢ ᠠᠰᠠᠭᠤᠳᠠᠯ ᠢ ᠠᠵᠢᠭᠯᠠᠬᠤ᠃

* ᠨᠡᠪᠲᠡᠷᠡᠬᠦ ᠪᠣᠯᠣᠮᠵᠢ ᠪᠠ ᠢᠯᠡ ᠲᠣᠳᠣ ᠪᠠᠢᠳᠠᠯ᠄ ᠠᠮᠧᠷᠢᠺᠠ ᠶᠢᠨ ᠨᠢᠭᠡᠳᠦᠭᠰᠡᠨ ᠤᠯᠤᠰ ᠤᠨ ᠠᠯᠪᠠᠨ ᠬᠠᠭᠠᠭᠴᠢᠳ᠂ ᠰᠡᠳᠭᠦᠯᠴᠢᠳ᠂ ᠲᠥᠷᠥ ᠶᠢᠨ ᠪᠤᠰᠤ ᠪᠠᠢᠭᠤᠯᠤᠯᠭ᠎ᠠᠨᠤᠭᠤᠳ ᠪᠣᠯᠣᠨ ᠳᠡᠯᠡᠬᠡᠢ ᠳᠠᠶᠠᠭᠠᠷ ᠲᠠᠷᠬᠠᠨ ᠰᠠᠭᠤᠭ᠎ᠠ ᠥᠪᠥᠷ ᠮᠣᠩᠭᠣᠯᠴᠤᠳ ᠤᠨ ᠨᠡᠪᠲᠡᠷᠡᠬᠦ ᠪᠣᠯᠣᠮᠵᠢ ᠳᠤ ᠰᠢᠨᠵᠢᠯᠡᠯᠭᠡ ᠬᠢᠬᠦ᠃

ᠮᠥᠨ ᠬᠠᠤᠯᠢ ᠶᠢᠨ ᠲᠥᠰᠥᠯ ᠨᠢ ᠮᠣᠩᠭᠣᠯ ᠬᠡᠯᠡᠨ ᠦ ᠮᠡᠳᠡᠯᠭᠡ ᠶᠢᠨ ᠴᠢᠬᠤᠯᠠ ᠶᠢ ᠣᠨᠴᠠᠯᠠᠨ ᠲᠡᠮᠳᠡᠭᠯᠡᠵᠦ᠂ ᠥᠪᠥᠷ ᠮᠣᠩᠭᠣᠯᠴᠤᠳ ᠲᠠᠢ ᠦᠷ᠎ᠡ ᠳ᠋ᠦᠩ ᠲᠡᠢ ᠠᠵᠢᠯᠯᠠᠬᠤ ᠶᠢᠨ ᠲᠤᠯᠠᠳᠠ᠂ ᠡᠯᠴᠢᠨ ᠰᠠᠢᠳ ᠤᠨ ᠶᠠᠮᠤᠨ ᠤ ᠠᠵᠢᠯᠲᠠᠳ ᠪᠣᠯᠣᠨ ᠣᠷᠣᠨ ᠨᠤᠲᠤᠭ ᠤᠨ ᠠᠵᠢᠯᠲᠠᠳ ᠬᠠᠩᠭᠠᠯᠲᠠ ᠲᠠᠢ ᠮᠣᠩᠭᠣᠯ ᠬᠡᠯᠡᠨ ᠦ ᠴᠢᠳᠠᠪᠤᠷᠢ ᠲᠠᠢ ᠪᠠᠢᠬᠤ ᠶᠢ ᠱᠠᠭᠠᠷᠳᠠᠭᠰᠠᠨ ᠪᠠᠢᠨ᠎ᠠ᠃

ᠬᠠᠤᠯᠢ ᠬᠡᠷᠡᠭᠵᠢᠭᠰᠡᠨᠡᠴᠡ ᠬᠣᠢᠰᠢ 180 ᠬᠣᠨᠣᠭ ᠤᠨ ᠳᠣᠲᠣᠷ᠎ᠠ ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨᠢ ᠥᠪᠥᠷ ᠮᠣᠩᠭᠣᠯ ᠤᠨ ᠬᠡᠯᠲᠡᠰ ᠦᠨ ᠪᠦᠷᠢᠳᠦᠭᠦᠯᠦᠯᠲᠡ ᠪᠣᠯᠣᠨ ᠬᠡᠷᠡᠭᠵᠢᠯᠲᠡ ᠶᠢᠨ ᠶᠠᠪᠤᠴᠠ ᠶᠢᠨ ᠲᠠᠯ᠎ᠠᠪᠠᠷ ᠬᠢ ᠲᠠᠢᠯᠤᠨ ᠢ ᠬᠣᠯᠪᠣᠭᠳᠠᠬᠤ ᠤᠯᠤᠰ ᠤᠨ ᠬᠤᠷᠠᠯ ᠤᠨ ᠬᠣᠷᠢᠶᠠᠨ ᠳᠤ ᠬᠦᠷᠭᠡᠭᠦᠯᠬᠦ ᠡᠭᠦᠷᠭᠡ ᠲᠡᠢ᠃

ᠬᠦᠮᠦᠨ ᠦ ᠡᠷᠬᠡ ᠶᠢᠨ ᠪᠠᠢᠳᠠᠯ ᠢ ᠠᠵᠢᠭᠯᠠᠭᠴᠢᠳ ᠡᠨᠡ ᠬᠦ ᠵᠢᠭᠠᠯᠲᠠ ᠵᠢ ᠬᠢᠲᠠᠳ ᠤᠨ ᠳᠢᠭᠯᠢᠮ ᠳᠣᠣᠷ᠎ᠠ ᠥᠪᠥᠷ ᠮᠣᠩᠭᠣᠯᠴᠤᠳ ᠣᠯᠠᠨ ᠵᠢᠯ ᠲᠤᠭᠤᠯᠵᠤ ᠢᠷᠡᠭᠰᠡᠨ ᠰᠢᠰᠲ᠋ᠧᠮ ᠲᠡᠢ ᠰᠣᠶᠣᠯ ᠦᠨ ᠤᠰᠠᠳᠬᠠᠯᠲᠠ᠂ ᠪᠠᠢᠭᠠᠯᠢ ᠣᠷᠴᠢᠨ ᠦ ᠲᠠᠯᠬᠢᠳᠠᠯ᠂ ᠤᠯᠤᠰ ᠲᠥᠷᠥ ᠶᠢᠨ ᠳᠠᠷᠤᠩᠭᠤᠢᠯᠠᠯ ᠤᠨ ᠲᠠᠯ᠎ᠠᠪᠠᠷ ᠬᠢ ᠣᠯᠠᠨ ᠤᠯᠤᠰ ᠤᠨ ᠣᠢᠯᠠᠭᠠᠯᠲᠠ ᠳᠤ ᠭᠠᠷᠤᠭᠰᠠᠨ ᠴᠢᠬᠤᠯᠠ ᠠᠬᠢᠴᠠ ᠭᠡᠵᠦ ᠦᠵᠡᠵᠦ ᠪᠠᠢᠨ᠎ᠠ᠃

ᠥᠪᠥᠷ ᠮᠣᠩᠭᠣᠯ ᠤᠨ ᠬᠦᠮᠦᠨ ᠦ ᠡᠷᠬᠡ ᠶᠢᠨ ᠮᠡᠳᠡᠭᠡᠯᠡᠯ ᠦᠨ ᠥᠷᠲᠡᠭᠡᠨ ᠤ ᠵᠠᠬᠢᠷᠤᠯ ᠲᠣᠭᠣᠴᠣᠭ ᠡᠩᠬᠡᠪᠠᠲᠤ ᠬᠡᠯᠡᠬᠦ ᠳᠦᠪᠡᠨ᠄︽ᠡᠨᠡ ᠪᠣᠯ ᠲᠡᠦᠬᠡᠨ ᠮᠥᠴᠡ ᠶᠤᠮ᠃ ᠮᠠᠨ ᠤ ᠥᠷᠲᠡᠭᠡ ᠨᠢ ᠣᠯᠠᠨ ᠵᠢᠯ ᠦᠨ ᠲᠤᠷᠰᠢ ᠠᠮᠧᠷᠢᠺᠠ ᠶᠢᠨ ᠨᠢᠭᠡᠳᠦᠭᠰᠡᠨ ᠤᠯᠤᠰ ᠤᠨ ᠤᠯᠤᠰ ᠤᠨ ᠬᠤᠷᠠᠯ ᠳᠤ ᠥᠪᠥᠷ ᠮᠣᠩᠭᠣᠯ ᠤᠨ ᠨᠥᠬᠥᠴᠡᠯ ᠪᠠᠢᠳᠠᠯ ᠢ ᠦᠷ᠎ᠡ ᠳ᠋ᠦᠩ ᠲᠡᠢ ᠬᠢᠨᠠᠬᠤ ᠮᠸᠬᠠᠨᠢᠰᠮ ᠪᠣᠢ ᠪᠣᠯᠭᠠᠬᠤᠶᠢᠨ ᠲᠥᠯᠥᠭᠡ ᠣᠯᠠᠨ ᠵᠢᠯ ᠠᠵᠢᠯᠯᠠᠵᠤ ᠢᠷᠡᠭᠰᠡᠨ ᠪᠥᠭᠡᠳ ᠡᠨᠡ ᠬᠦ ᠵᠢᠭᠠᠯᠲᠠ ᠪᠣᠯ ᠡᠳᠡᠭᠡᠷ ᠤᠢᠭ᠎ᠠ ᠦᠭᠡᠢ ᠬᠦᠴᠦᠨ ᠵᠢᠳᠬᠦᠯ ᠦᠨ ᠦᠷ᠎ᠡ ᠳ᠋ᠦᠩ ᠶᠤᠮ᠃ ᠥᠪᠥᠷ ᠮᠣᠩᠭᠣᠯ ᠤᠨ ᠬᠡᠯᠲᠡᠰ ᠢ ᠠᠮᠧᠷᠢᠺᠠᠶᠢᠨ ᠨᠢᠭᠡᠳᠦᠭᠰᠡᠨ ᠤᠯᠤᠰ ᠤᠨ ᠡᠯᠴᠢᠨ ᠰᠠᠢᠳ ᠤᠨ ᠶᠠᠮᠤᠨ ᠳᠤ ᠪᠠᠢᠭᠤᠯᠬᠤ ᠨᠢ ᠥᠪᠥᠷ ᠮᠣᠩᠭᠣᠯ ᠤᠨ ᠨᠥᠬᠥᠴᠡᠯ ᠪᠠᠢᠳᠠᠯ ᠢ ᠨᠠᠷᠢᠪᠴᠢᠯᠠᠨ ᠬᠢᠨᠠᠬᠤ᠂ ᠮᠥᠨ ᠬᠢᠲᠠᠳ ᠤᠨ ᠳᠠᠷᠤᠩᠭᠤᠢᠯᠠᠯ ᠤᠨ ᠳᠢᠭᠯᠢᠮ ᠤᠨ ᠳᠣᠣᠷ᠎ᠠ ᠠᠮᠢᠳᠤᠷᠠᠵᠤ ᠪᠣᠢ ᠵᠢᠷᠭᠤᠭᠠᠨ ᠰᠠᠶ᠎ᠠ ᠥᠪᠥᠷ ᠮᠣᠩᠭᠣᠯᠴᠤᠳ ᠤᠨ ᠡᠷᠬᠡ ᠶᠢ ᠬᠠᠮᠠᠭᠠᠯᠠᠬᠤ ᠴᠢᠬᠤᠯᠠ ᠬᠡᠷᠡᠭᠰᠡᠯ ᠪᠣᠯᠬᠤ ᠪᠣᠯᠣᠨ᠎ᠠ︾ ᠭᠡᠵᠦ ᠪᠠᠢᠯ᠎ᠠ

 

ᠢᠷᠡᠯᠲᠡ᠄
 

2025- © Sonin ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0000-0000000

ᠢᠮᠧᠯ᠄ soninhuudas@gmail.com